ᠪᠦᠲᠦᢉᠡᠯᠴᠢ ᠪᠠᠶᠢᠭᠠᠯᠢ ᠲᠠᠩᢈᠢᠮ ᠤ᠋ᠨ ᠨᠡᢉᠡᢉᠡᠯᠲᠡ ᠪᠣᠯᠤᠯᠠ
ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠠᠭᠤᠷ ᠠᠮᠢᠰᠬᠤᠯ ᠤ᠋ᠨ ᠥᢉᠡᠷᠡᠴᠢᠯᠡᠯᠲᠡ᠂ ᠨᠣᠭᠤᠭᠠᠨ ᢈᠥᢉᠵᠢᠯ ᠦ᠋ᠨ ᠪᠣᠳᠤᠯᠭᠠ ᠶ᠋ᠢᠨ ᠵᠣᠷᠢᠯᠲᠠ᠂ ᠠᠷᠭᠠ ᢈᠡᠮᠵᠢᠶᠡᠨ ᠦ᠋ ᢈᠦᠷᠢᠶᠡᠨ ᠳ᠋ᠦ ᠒᠐᠒᠕ ᠣᠨ ᠳ᠋ᠤ ᠪᠠᠶᠢᠭᠠᠯᠢ ᠣᠷᠴᠢᠨ᠂ ᠠᠭᠤᠷ ᠠᠮᠢᠰᠬᠤᠯ ᠤ᠋ᠨ ᠥᢉᠡᠷᠡᠴᠢᠯᠡᠯᠲᠡ ᠶ᠋ᠢᠨ ᠶᠠᠮᠤ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠢ᠋ ᠪᠠᠶᠢᠭᠤᠯᠤᠨ ᢈᠡᠦᢈᠡᠳ᠂ ᠵᠠᠯᠠᠭᠤᠴᠤᠳ ᠲᠤ ᠡᢈᠡ ᠳᠡᠯᠡᢈᠡᠢ᠂ ᠪᠠᠶᠢᠭᠠᠯᠢ ᠣᠷᠴᠢᠨ᠂ ᠡᠻᠣ ᠰᠢᠰᠲ᠋ᠧᠮ ᠦ᠋ᠨ ᠲᠠᠯᠠᠭᠠᠷ ᠮᠡᠳᠡᠯᢉᠡ ᠣᠯᠭᠤᠬᠤ᠂ ᠮᠡᠳᠡᢉᠡᠯᠡᠯ ᠲᠦᢉᠡᢉᠡᢈᠦ᠂ ᠪᠠᠶᠢᠭᠠᠯᠢ ᠳ᠋ᠠᠭᠠᠨ ᠡᢉᠡᠯᠢᠲᠡᠢ ᠬᠠᠨᠳᠤᠬᠤ ᠰᠣᠶᠤᠯ ᠢ᠋ ᠲᠥᠯᠦᠪᠰᠢᢉᠦᠯᢈᠦ᠂ ᠨᠣᠭᠤᠭᠠᠨ ᢈᠥᢉᠵᠢᠯ ᠢ᠋ ᠳᠡᠮᠵᠢᢈᠦ ᠵᠣᠷᠢᠯᠭᠠ ᠪᠠᠷ ᠡᠻᠣᠯᠣᢉᠢ ᠶ᠋ᠢᠨ ᠪᠣᠯᠪᠠᠰᠤᠷᠠᠯ ᠣᠯᠭᠤᠬᠤ ᢈᠥᠲᠦᠯᠪᠦᠷᠢ᠂ ᠰᠤᠷᠭᠠᠯᠲᠠ ᠵᠣᢈᠢᠶᠠᠨ ᠪᠠᠶᠢᠭᠤᠯᠬᠤ ᠵᠣᠷᠢᠯᠭᠠ ᠲᠠᠢ “ᠪᠦᠲᠦᢉᠡᠯᠴᠢ ᠪᠠᠶᠢᠭᠠᠯᠢ” ᠲᠠᠩᢈᠢᠮ ᠢ᠋ ᠲᠣᢈᠢᠵᠢᠭᠤᠯᠤᠨ ᠥᠨᠦᠳᠦᠷ ᠨᠡᢉᠡᢉᠡᠯᠲᠡ ᠶ᠋ᠢᠨ ᠠᠷᠭᠠ ᢈᠡᠮᠵᠢᠶᠡ ᠶ᠋ᠢ ᠵᠣᢈᠢᠶᠠᠨ ᠪᠠᠶᠢᠭᠤᠯᠤᠯᠠ᠃
← ᠪᠤᠴᠠᠬᠤ