Мэдээний зураг
ᠤᠳᠬ᠎ᠠ ᠵᠣᢈᠢᠶᠠᠯ᠂ ᠨᠣᠮ ᢈᠡᠪᠯᠡᠯ ᠦ᠋ᠨ ᠰᠠᠯᠪᠤᠷᠢ ᠶ᠋ᠢᠨ ᠨᠢᢉᠡᠳᠦᢉᠰᠡᠨ ᢈᠡᠯᠡᠯᠴᠡᢉᠦᠯᢉᠡ ᠪᠣᠯᠤᠨ᠎ᠠ᠃
ᠤᠳᠬ᠎ᠠ ᠵᠣᢈᠢᠶᠠᠯ᠂ ᠨᠣᠮ ᢈᠡᠪᠯᠡᠯ ᠦ᠋ᠨ ᠰᠠᠯᠪᠤᠷᠢ ᠶ᠋ᠢᠨ ᠨᠢᢉᠡᠳᠦᢉᠰᠡᠨ ᢈᠡᠯᠡᠯᠴᠡᢉᠦᠯᢉᠡ ᠒᠐᠒᠒ ᠣᠨ ᠤ᠋ ᠙ ᠳ᠋ᠦ᠋ᢉᠡᠷ ᠰᠠᠷ᠎ᠠ ᠶ᠋ᠢᠨ ᠒᠙-ᠨᠢᠢ ᠡᠳᠦᠷ ᢈᠡᠦᢈᠡᠳ ᠦ᠋ᠨ ᠲᠥᠪ ᠨᠣᠮ ᠤ᠋ᠨ ᠰᠠᠩ ᠳ᠋ᠤ ᠪᠣᠯᠤᠨ᠎ᠠ᠃ ᠮᠣᠩᠭᠣᠯ ᠤᠯᠤᠰ ᠤ᠋ᠨ ᠵᠠᠰᠠᠭ ᠤ᠋ᠨ ᠭᠠᠵᠠᠷ ᠠ᠋ᠴᠠ ᠰᠣᠶᠤᠯ ᠤ᠋ᠨ ᠪᠦᠲᠦᢉᠡᠯᠴᠢ ᠦᠢᠯᠡᠳᠪᠦᠷᠢᠯᠡᠯ ᠦ᠋ᠨ ᠦᠨᠳᠦᠰᠦᠨ ᠦ᠋ ᠪᠣᠯᠤᠨ ᠰᠠᠯᠪᠤᠷᠢ ᠶ᠋ᠢᠨ ᠲᠣᠭᠲᠠᠪᠤᠷᠢ ᠲᠠᠢ ᢈᠥᢉᠵᠢᠯ ᠢ᠋ ᠪᠡᢈᠢᠵᠢᢉᠦᠯᢈᠦ ᠳ᠋ᠦ ᠪᠣᠳᠠᠲᠠᠢ ᠬᠤᠪᠢ ᠨᠡᠮᠡᠷᠢ ᠣᠷᠤᠭᠤᠯᠬᠤ ᠳ᠋ᠤ ᠳᠡᠮᠵᠢᠯᢉᠡ ᠦᠵᠡᢉᠦᠯᢈᠦ᠂ ᠪᠦᠲᠦᢉᠡᠯᠴᠢ ᠠᠪᠢᠶᠠᠰ ᠢ᠋ ᠢᠨᠨᠤᠸᠠᠼ ᠰᠢᠩᢉᠡᢉᠰᠡᠨ ᠨᠥᢈᠦᠨ ᠰᠡᠷᢉᠦᢉᠡᢉᠳᠡᢈᠦ ᠨᠥᢉᠡᠴᠡ ᠪᠣᠯᠭᠠᠬᠤ ᠵᠣᠷᠢᠯᠭ᠎ᠠ ᠪᠠᠷ “ᠲᠥᠷᠦ ᠡᠴᠡ ᠳᠡᠮᠵᠢᠯᢉᠡ ᠦᠵᠡᢉᠦᠯᢈᠦ ᠰᠣᠶᠤᠯ ᠤ᠋ᠨ ᠪᠦᠲᠦᢉᠡᠯᠴᠢ ᠦᠶᠢᠯᠡᠳᠪᠦᠷᠢᠯᠡᠯ ᠦ᠋ᠨ ᠲᠡᠷᠢᢉᠦᠯᠡᢈᠦ ᠴᠢᢉᠯᠡᠯ”-ᠡᠢᢉ ᠪᠠᠲᠤᠯᠠᠭᠰᠠᠨ ᠪᠢᠯᠡ᠃ ᠲᠡᠷᠢᢉᠦᠯᠡᢈᠦ ᠴᠢᢉᠯᠡᠯ ᠦ᠋ᠳ ᠦ᠋ᠨ ᠨᠢᢉᠡ ᠳ᠋ᠦ “ᠤᠳᠬ᠎ᠠ ᠵᠣᢈᠢᠶᠠᠯ᠂ ᠨᠣᠮ ᢈᠡᠪᠯᠡᠯ”-ᠡᠶᠢᠨ ᠪᠠᠭᠲᠠᠭᠰᠠᠨ ᠪᠥᢉᠡᠳ ᠡᢉᠦᠨ ᠲᠡᠢ ᠬᠣᠯᠪᠤᠭᠳᠠᠭᠤᠯᠤᠨ ᠰᠣᠶᠤᠯ ᠤ᠋ᠨ ᠪᠦᠲᠦᢉᠡᠯᠴᠢ ᠦᠢᠯᠡᠳᠪᠦᠷᠢᠯᠡᠯ ᠦ᠋ᠨ ᠦᠨᠳᠦᠰᠦᠨ ᠦ᠋ ᠹᠣᠷᠦ᠋ᠮ ᠢ᠋ ᠑᠑ ᠳ᠋᠋ᠦ᠋ᢉᠡᠷ ᠰᠠᠷ᠎ᠠ ᠳ᠋ᠤ ᠵᠣᢈᠢᠶᠠᠨ ᠪᠠᠶᠢᠭᠤᠯᠬᠤ ᠪᠠᠷ ᠲᠥᠯᠦᠪᠯᠡᠨ ᠠᠵᠢᠯᠯᠠᠵᠤ ᠪᠠᠶᠢᠨ᠎ᠠ᠃ ᠤᠭ ᠹᠣᠷᠦ᠋ᠮ ᠢ᠋ ᠤᠭᠲᠤᠨ ᠤᠳᠬ᠎ᠠ ᠵᠣᢈᠢᠶᠠᠯ᠂ ᠨᠣᠮ ᢈᠡᠪᠯᠡᠯ ᠦ᠋ᠨ ᠰᠠᠯᠪᠤᠷᠢ ᠶ᠋ᠢᠨ ᠨᠢᢉᠡᠳᠦᢉᠰᠡᠨ ᢈᠡᠯᠡᠯᠴᠡᢉᠦᠯᢉᠡ ᠶ᠋ᠢ ᠵᠣᢈᠢᠶᠠᠨ ᠪᠠᠶᠢᠭᠤᠯᠵᠤ ᠪᠠᠶᠢᠨ᠎ᠠ᠃ “ᠨᠣᠮ ᢈᠡᠪᠯᠡᠯ”᠂ᠹ᠂ “ᠤᠳᠬ᠎ᠠ ᠵᠣᢈᠢᠶᠠᠯ”- ᠤ᠋ᠨ ᠰᠠᠯᠪᠤᠷᠢ ᠬᠤᠷᠠᠯᠳᠤᠭ᠎ᠠ ᠨᠤᠭᠤᠳ ᠢ᠋ ᠵᠣᢈᠢᠶᠠᠨ ᠪᠠᠶᠢᠭᠤᠯᠤᠭᠰᠠᠨ ᠤ᠋ ᠳᠠᠷᠠᠭ᠎ᠠ ᠨᠢᢉᠡᠳᠦᢉᠰᠡᠨ ᢈᠡᠯᠡᠯᠴᠡᢉᠦᠯᢉᠡ ᠶ᠋ᠢ ᢈᠢᠵᠦ᠂ ᠵᠥᠪᠯᠡᠮᠵᠢ ᠭᠠᠷᠭᠠᠨ᠎ᠠ᠃ ᢈᠡᠯᠡᠯᠴᠡᢉᠦᠯᢉᠡ ᠳ᠋ᠦ ᠰᠣᠶᠤᠯ ᠤ᠋ᠨ ᠶᠠᠮᠤ᠂ ᠵᠠᠰᠠᠭ ᠤ᠋ᠨ ᠭᠠᠵᠠᠷ ᠤ᠋ᠨ ᢈᠡᠷᠡᢉᠵᠢᢉᠦᠯᠦᢉᠴᠢ ᠠᢉᠧᠨ᠋ᠲ᠋ᠯᠢᠭ ᠰᠣᠶᠤᠯ ᠤᠷᠠᠯᠢᠭ ᠤ᠋ᠨ ᠭᠠᠵᠠᠷ᠂ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ᠂ ᢈᠡᠦᢈᠡᠳ ᠦ᠋ᠨ ᠲᠥᠪ ᠨᠣᠮ ᠤ᠋ᠨ ᠰᠠᠩ᠂ ᠤᠯᠠᠭᠠᠨᠪᠠᠭᠠᠲᠤᠷ ᠬᠣᠲᠠ ᠶ᠋ᠢᠨ ᠲᠥᠪ ᠨᠣᠮ ᠤ᠋ᠨ ᠰᠠᠩ᠂ ᠮᠣ‍᠂ᠤ‍᠂ᠶᠡ‍᠂ᠰᠤ᠂ ᠂ ᠮᠦᠪᠢᠰ᠂ ᠰᠡᠽᠢᠰ᠂ ᠬᠠᠶᠢᠰᠤ᠂ ᠱᠤᠲᠢᠰ-ᠡᠶᠢᠨ ᠨᠣᠮ ᠤ᠋ᠨ ᠰᠠᠩ ᠤ᠋ᠳ᠂ ᠮᠣᠩᠭᠣᠯ ᠤ᠋ᠨ ᠨᠣᠮ ᠤ᠋ᠨ ᠰᠠᠩ ᠤ᠋ᠳ ᠤ᠋ᠨ ᠻᠣᠨ᠋ᠰᠣᠷᠼᠢᠦ᠋ᠮ᠂ ᠮᠣᠩᠭᠣᠯ ᠤ᠋ᠨ ᠨᠣᠮ ᠤ᠋ᠨ ᠰᠠᠩ ᠤ᠋ᠨ ᠬᠣᠯᠪᠤᠭ᠎ᠠ᠂ ᠮᠣᠩᠭᠣᠯ ᠤ᠋ᠨ ᠵᠣᢈᠢᠶᠠᠯᠴᠢᠳ ᠤ᠋ᠨ ᠡᠪᠯᠡᠯ᠂ ᠨᠣᠮ ᠤ᠋ᠨ ᠳᠡᠯᢉᠡᢉᠦᠷ ᠦ᠋ᠳ᠂ ᢈᠡᠪᠯᠡᠨ ᠨᠡᠶᠢᠲᠡᠯᠡᢉᠴᠢᠳ ᠦ᠋ᠨ ᠬᠣᠯᠪᠤᠭ᠎ᠠ᠂ ᠴᠠᢈᠢᠮ ᠨᠣᠮ ᠤ᠋ᠨ ᠰᠠᠩ᠂ ᠴᠠᢈᠢᠮ ᠬᠤᠳᠠᠯᠳᠤᠭ᠎ᠠ᠂ ᢈᠡᠪᠯᠡᢈᠦ ᠦᠶᠢᠯᠡᠳᠪᠦᠷᠢ ᠨᠦ᠋ᢉᠦᠳ ᠦ᠋ᠨ ᠬᠣᠯᠪᠤᠭ᠎ᠠ᠂ ᠶᠧᠪᠰ-ᠡᠶᠢᠨ ᠨᠣᠮ ᠤ᠋ᠨ ᠰᠠᠩ ᠤ᠋ᠳ᠂ ᠤᠩᠰᠢᠯᠭ᠎ᠠ ᠶ᠋ᠢ ᠳᠡᠮᠵᠢᢉᠴᠢ ᠢᠷᢉᠡᠨ ᠦ᠋ ᠨᠡᠶᠢᢉᠡᠮ ᠦ᠋ᠨ ᠲᠥᠯᠦᢉᠡᠯᠡᠯ ᠦ᠋ᠳ ᠣᠷᠤᠯᠴᠠᠨ᠎ᠠ᠃ ᠶᠡᠷᠦᠩᢈᠡᠢ ᠵᠣᢈᠢᠶᠠᠨ ᠪᠠᠶᠢᠭᠤᠯᠤᠭᠴᠢ:

ᠰᠣᠶᠤᠯ ᠤ᠋ᠨ ᠶᠠᠮᠤ᠂ ᠵᠠᠰᠠᠭ ᠤ᠋ᠨ ᠭᠠᠵᠠᠷ ᠤ᠋ᠨ ᢈᠡᠷᠡᢉᠵᠢᢉᠦᠯᠦᢉᠴᠢ ᠠᢉᠧᠨ᠋ᠲ᠋ᠯᠢᠭ ᠰᠣᠶᠤᠯ ᠤᠷᠠᠯᠢᠭ ᠤ᠋ᠨ ᠭᠠᠵᠠᠷ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᢈᠡᠦᢈᠡᠳ ᠦ᠋ᠨ ᠲᠥᠪ ᠨᠣᠮ ᠤ᠋ᠨ ᠰᠠᠩ ᠬᠠᠮᠲᠤᠷᠠᠨ ᠵᠣᢈᠢᠶᠠᠨ ᠪᠠᠶᠢᠭᠤᠯᠤᠭᠴᠢ:

ᠮᠣᠩᠭᠣᠯ ᠤ᠋ᠨ ᠵᠣᢈᠢᠶᠠᠯᠴᠢᠳ ᠤ᠋ᠨ ᠡᠪᠯᠡᠯ ᢈᠡᠪᠯᠡᢈᠦ ᠦᠶᠢᠯᠡᠳᠪᠦᠷᠢ ᠨᠦ᠋ᢉᠦᠳ ᠦ᠋ᠨ ᠬᠣᠯᠪᠤᠭ᠎ᠠ ᠮᠣᠩᠭᠣᠯ ᠤ᠋ᠨ ᠨᠣᠮ ᠤ᠋ᠨ ᠰᠠᠩ᠂ ᠨᠣᠮᠵᠦᠢ ᠶ᠋ᠢᠨ ᠢᠨᠨᠤᠸᠠᠼ ᢈᠥᢉᠵᠢᠯ ᠦ᠋ᠨ ᢈᠦᠷᠢᠶᠡᠯᠡᠩ
← ᠪᠤᠴᠠᠬᠤ