Мэдээний зураг
ᠰᠢᠨ᠎ᠡ ᠡᠷᠢᠨ ᠵᠠᠭᠤᠨ ᠤ᠋ ᠨᠣᠮ ᠤ᠋ᠨ ᠰᠠᠩ ᠰᠡᠳᠦᠪᠲᠦ ᠰᠤᠷᠭᠠᠯᠲᠠ ᠶ᠋ᠢ ᠵᠣᢈᠢᠶᠠᠨ ᠪᠠᠶᠢᠭᠤᠯᠵᠤ ᠪᠠᠶᠢᠨ᠎ᠠ᠃
ᠤᠪᠰᠤ ᠠᠶᠢᠮᠠᠭ ᠤ᠋ᠨ ᠲᠥᠪ ᠨᠣᠮ ᠤ᠋ᠨ ᠰᠠᠩ ᠠ᠋ᠴᠠ “ᠰᠢᠨ᠎ᠡ ᠡᠷᠢᠨ ᠵᠠᠭᠤᠨ ᠤ᠋ ᠨᠣᠮ ᠤ᠋ᠨ ᠰᠠᠩ” ᠰᠡᠳᠦᠪᠲᠦ ᠰᠤᠷᠭᠠᠯᠲᠠ ᠶ᠋ᠢ ᠒᠐᠒᠒ ᠣᠨ ᠤ᠋ ᠑᠐ ᠳ᠋ᠤᠭᠠᠷ ᠰᠠᠷ᠎ᠠ ᠶ᠋ᠢᠨ ᠒᠕-ᠨᠠᠭᠠᠰᠤ ᠒᠖- ᠤ᠋ ᠡᠳᠦᠷ ᠦ᠋ᠳ ᠲᠦ ᠵᠣᢈᠢᠶᠠᠨ ᠪᠠᠶᠢᠭᠤᠯᠵᠤ ᠪᠠᠶᠢᠨ᠎ᠠ᠃ ᠰᠤᠷᠭᠠᠯᠲᠠ ᠶ᠋ᠢ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠤ᠋ᠨ ᠠᠷᠭ᠎ᠠ ᠵᠦᠶᠢᠴᠢ ᠸᠠ᠃ ᠲᠦᠪᠰᠢᠨᠲᠣᠭᠲᠠᠬᠤ ᠤᠳᠤᠷᠢᠳᠤᠨ ᠶᠠᠪᠤᠭᠤᠯᠵᠤ᠂ ᠤᠪᠰᠤ ᠠᠶᠢᠮᠠᠭ ᠤ᠋ᠨ ᢈᠡᠮᠵᠢᠶᠡᠨ ᠳ᠋ᠦ ᠦᠢᠯᠡ ᠠᠵᠢᠯᠯᠠᠭ᠎ᠠ ᠶᠠᠪᠤᠭᠤᠯᠵᠤ ᠪᠤᠢ ᠑᠙ ᠰᠤᠮᠤ ᠶ᠋ᠢᠨ ᠰᠣᠶᠤᠯ ᠤ᠋ᠨ ᠲᠥᠪ ᠦ᠋ᠨ ᠪᠣᠯᠤᠨ ᠰᠤᠷᠭᠠᠭᠤᠯᠢ ᠶ᠋ᠢᠨ ᠨᠣᠮ ᠤ᠋ᠨ ᠰᠠᠩᠴᠢᠳ᠂ ᠮᠥᠨ ᠠᠶᠢᠮᠠᠭ ᠤ᠋ᠨ ᠲᠥᠪ ᠨᠣᠮ ᠤ᠋ᠨ ᠰᠠᠩ ᠤ᠋ᠨ ᠨᠣᠮ ᠤ᠋ᠨ ᠰᠠᠩᠴᠢᠳ ᠬᠠᠮᠤᠷᠤᠭᠳᠠᠵᠤ ᠪᠠᠶᠢᠨ᠎ᠠ᠃ ᠥᠨᠦᠳᠦᠷ ᠨᠣᠮ ᠤ᠋ᠨ ᠰᠠᠩᠴᠢᠳ ᠤ᠋ᠨ ᠳᠤᠮᠳᠠ “ᠤᠷ᠎ᠠ ᠴᠢᠳᠠᠪᠤᠷᠢ ᠶ᠋ᠢᠨ ᠤᠷᠤᠯᠳᠤᠭᠠᠨ”- ᠢ᠋ ᠵᠣᢈᠢᠶᠠᠨ ᠪᠠᠶᠢᠭᠤᠯᠬᠤ ᠶᠤᠮ᠃
← ᠪᠤᠴᠠᠬᠤ