ᠤᠶᠢᠬᠤ- ᠤ᠋ᠨ ᠲᠠᠮᠠᠭᠠ ᠶ᠋ᠢᠨ ᠭᠠᠵᠠᠷ ᠲᠠᠢ ᠬᠠᠮᠲᠤᠷᠠᠨ ᠠᠵᠢᠯᠯᠠᠨᠠ
ᠮᠣᠩᠭᠣᠯ ᠤᠯᠤᠰ ᠤ᠋ᠨ ᠶᠡᢈᠡ ᠬᠤᠷᠠᠯ ᠤ᠋ᠨ ᠶᠡᠷᠦᠩᢈᠡᠢ ᠨᠠᠷᠢᠨ ᠪᠢᠴᠢᢉ ᠦ᠋ᠨ ᠳᠠᠷᠤᠭᠠ ᠯᠠ᠃ ᠥᠯᠵᠡᠶᠢᠰᠠᠶᠢᠬᠠᠨ᠂ ᠮᠣᠩᠭᠤᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠤ᠋ᠨ ᠵᠠᢈᠢᠷᠤᠯ ᠪᠤᠢ᠂ ᠴᠢᠩᠬᠣᠷᠯᠤ ᠨᠠᠷᠠ ᠒᠐᠒᠓ ᠣᠨ ᠤ᠋ ᠕ ᠳ᠋ᠤᠭᠠᠷ ᠰᠠᠷᠠ ᠶ᠋ᠢᠨ ᠒᠖- ᠤ᠋ ᠡᠳᠦᠷ “ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ”-ᠲᠥ ᠭᠠᠷ ᠤ᠋ᠨ ᠦᠰᠦᢉ ᠵᠢᠷᠤᠯᠠ᠃ ᠰᠠᠨᠠᠮᠵᠢ ᠪᠢᠴᠢᢉ ᠦ᠋ᠨ ᢈᠦᠷᠢᠶᠡᠨ ᠳ᠋ᠦ ᠲᠠᠯᠠ ᠨᠤᠭᠤᠳ ᠴᠠᢈᠢᠮ ᠨᠣᠮ ᠤ᠋ᠨ ᠰᠠᠩ ᠤ᠋ᠨ ᠻᠣᠾᠠ ᠰᠢᠰᠲ᠋ᠧᠮ ᠨᠡᠪᠲᠡᠷᠡᢉᠦᠯᢈᠦ᠂ᠰᠠᠩ ᢈᠥᠮᠦᠷᢉᠡ ᠶ᠋ᠢ ᠬᠠᠳᠠᠭᠠᠯᠠᠬᠤ᠂ ᠬᠠᠮᠠᠭᠠᠯᠠᠬᠤ᠂ ᠬᠠᠮᠲᠤᠷᠠᠨ ᠠᠰᠢᠭᠯᠠᠬᠤ᠂ ᠰᠡᠯᠪᠢᠨ ᠵᠠᠰᠠᠬᠤ᠂ ᠰᠡᠷᢉᠦᢉᠡᠨ ᠵᠠᠰᠠᠪᠤᠷᠢᠯᠠᠬᠤ ᠪᠣᠯᠤᠨ ᠮᠡᠳᠡᢉᠡᠯᠡᠯ ᠦ᠋ᠨ ᠰᠠᠩ᠂ ᠻᠠᠲ᠋ᠠᠯᠣ᠋ ᠶ᠋ᠢ ᢈᠥᠲᠦᠯᢈᠦ ᠲᠠᠯᠠᠭᠠᠷ ᠬᠠᠷᠢᠯᠴᠠᠨ ᠮᠡᠷᢉᠡᠵᠢᠯ᠂ ᠠᠷᠭᠠ ᠵᠦᠢ᠂ ᠲᠧᠻᠨᠢᢉ ᠦ᠋ᠨ ᠲᠤᠰᠠᠯᠠᠯᠴᠠᠭᠠ ᠦᠵᠡᢉᠦᠯᢈᠦ᠂ ᢈᠦᠮᠦᠨ ᠦ᠋ ᠨᠥᢉᠡᠴᠡ ᠶ᠋ᠢ ᠴᠢᠳᠠᠪᢈᠢᠵᠢᠭᠤᠯᠬᠤ᠂ ᠤᠷᠠ ᠴᠢᠳᠠᠪᠤᠷᠢ ᠶ᠋ᠢ ᠳᠡᢉᠡᢉᠰᠢᠯᠡᢉᠦᠯᢈᠦ ᠴᠢᢉᠯᠡᠯ ᠢ᠋ᠶᠡᠷ ᠬᠠᠮᠲᠤᠷᠠᠨ ᠠᠵᠢᠯᠯᠠᠨᠠ᠃ ᠰᠠᠨᠠᠮᠵᠢ ᠪᠢᠴᠢᢉ ᠪᠠᠶᠢᠭᠤᠯᠬᠤ ᠦᠶᠡ ᠪᠡᠷ ᠤᠯᠤᠰ ᠤ᠋ᠨ ᠶᠡᢈᠡ ᠬᠤᠷᠠᠯ ᠤ᠋ᠨ ᠶᠡᠷᠦᠩᢈᠡᠢ ᠨᠠᠷᠢᠨ ᠪᠢᠴᠢᢉ ᠦ᠋ᠨ ᠳᠠᠷᠤᠭᠠ ᠯᠠ᠃ ᠥᠯᠵᠡᠶᠢᠰᠠᠶᠢᠬᠠᠨ ᠫᠠᠷᠯᠠᠮᠧᠨᠲ ᠤ᠋ᠨ ᠨᠣᠮ ᠤ᠋ᠨ ᠰᠠᠩ ᠤ᠋ᠨ ᠲᠠᠯᠠᠭᠠᠷ ᠲᠠᠨᠢᠯᠴᠠᠭᠤᠯᠵᠤ᠂ “ᠮᠡᠷᢉᠡᠵᠢᠯ ᠦ᠋ᠨ ᠪᠣᠯᠤᠨ ᠣᠯᠠᠨ ᠤᠯᠤᠰ ᠤ᠋ᠨ ᠰᠲ᠋ᠠᠨ᠋ᠳᠠᠷᠲ᠂ ᠵᠢᠱᠢᢉ ᠦ᠋ᠨ ᠳᠠᠭᠠᠭᠤ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠲᠠᠢ ᠬᠠᠮᠲᠤᠷᠠᠨ ᠠᠵᠢᠯᠯᠠᠬᠤ ᠪᠠᠷ ᠪᠣᠯᠵᠤ ᠪᠤᠢ”-ᠳ ᠪᠠᠶᠠᠷᠲᠠᠢ ᠪᠠᠶᠢᠭᠠ ᠪᠠᠨ ᠢᠯᠡᠷᢈᠡᠶᠢᠯᠡᢉᠰᠡᠨ ᠶᠠᠭᠤᠮᠠ᠃ ᠲᠡᠷᠡ ᠪᠡᠷ᠂ ᠮᠣᠩᠭᠣᠯ ᠤᠯᠤᠰ ᠤ᠋ᠨ ᠶᠡᢈᠡ ᠬᠤᠷᠠᠯ ᠤ᠋ᠨ ᠳᠠᠷᠤᠭᠠ ᠶ᠋ᠢᠨ ᠢᠪᠡᢉᠡᠯ ᠳᠣᠣᠷᠠ ᠪᠣᠯᠵᠤ ᠪᠤᠢ ᠓᠓ ᠳ᠋ᠠᢈᠢ ᠨᠣᠮ ᠤ᠋ᠨ ᠪᠠᠶᠠᠷ ᠤ᠋ᠨ ᠡᠳᠦᠷ ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ ᠲᠤ ᠭᠠᠷ ᠤ᠋ᠨ ᠦᠰᠦᢉ ᠵᠢᠷᠤᠵᠤ ᠪᠠᠶᠢᠭᠠ ᠳ᠋ᠤ ᠪᠠᠨ ᠪᠡᠯᢉᠡᠰᠢᠶᠡᠵᠦ ᠪᠤᠢ ᠪᠠᠨ ᠢᠯᠡᠷᢈᠡᠶᠢᠯᠡᢉᠡᠳ᠂ ᠤᠯᠤᠰ ᠤ᠋ᠨ ᠶᠡᢈᠡ ᠬᠤᠷᠠᠯ ᠤ᠋ᠨ ᠳᠠᠷᠤᠭᠠ ᠭ᠂ ᠽᠠᠨᠳᠠᠨᠰᠢᠲᠠᠷᠠ ᠶ᠋ᠢᠨ ᠰᠠᠨᠠᠭᠠᠴᠢᠯᠠᠵᠤ᠂ ᠵᠣᢈᠢᠶᠠᠯᠴᠢ᠂ ᠢᠷᠠᠭᠤ ᠨᠠᠶᠢᠷᠠᠭᠴᠢ ᠷ᠂ᠡᠮᠦᠵᠢᠨ ᠦ᠋ ᠲᠤᠭᠤᠷᠪᠢᠭᠰᠠᠨ “ᠦᠨᠳᠦᠰᠦᠨ ᠦᠯᠢᢉᠡᠷ” ᠨᠣᠮ ᠢ᠋ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠤ᠋ᠨ ᠵᠠᢈᠢᠷᠤᠯ᠂ ᠢᠷᠠᠭᠤ ᠨᠠᠶᠢᠷᠠᠭᠴᠢ᠂ ᠰᠣᠶᠤᠯ ᠤ᠋ᠨ ᠭᠠᠪᠢᠶᠠᠲᠤ ᠵᠢᠳᢈᠦᠯᠲᠡᠨ ᠪᠤᠢᠴᠢᠩᠬᠣᠷᠯᠤ ᠳ᠋ᠤ ᠭᠠᠷᠳᠠᠭᠤᠯᠪᠠ᠃ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠤ᠋ᠨ ᠵᠠᢈᠢᠷᠤᠯ ᠪ᠂ ᠶᠢᠳᠴᠢᠨᠬᠣᠷᠯᠤ ᠑᠐᠐ ᠵᠢᠯ ᠦ᠋ᠨ ᠲᠡᠦᢈᠡ ᠲᠡᠢ ᠨᠣᠮ ᠤ᠋ᠨ ᠰᠠᠩ ᠤ᠋ᠨ ᠢ᠋ᠶᠠᠨ ᠲᠠᠯᠠᠭᠠᠷ ᠲᠣᠪᠴᠢ ᠲᠠᠨᠢᠯᠴᠠᠭᠤᠯᠵᠤ᠂ “ᠰᠠᠨᠠᠮᠵᠢ ᠪᠢᠴᠢᢉ ᠢ᠋ᠶᠡᠷ ᠲᠣᢈᠢᠷᠠᠯᠴᠠᠭᠰᠠᠨ ᠬᠠᠮᠲᠤ ᠶ᠋ᠢᠨ ᠠᠵᠢᠯᠯᠠᠭᠠᠨ ᠤ᠋ ᠦᠷᠡ ᠳ᠋ᠦᠩ ᠳ᠋ᠦ ᠨᠣᠮ ᠰᠣᠶᠤᠯ ᠤ᠋ᠨ ᠦᠢᠯᠡᠴᠢᠯᠡᢉᠡᠨ ᠦ᠋ ᠣᠯᠠᠨ ᠤᠯᠤᠰ ᠤ᠋ᠨ ᠰᠲ᠋ᠠᠨ᠋ᠳᠠᠷᠲ ᠢ᠋ ᠨᠡᠪᠲᠡᠷᠡᢉᠦᠯᢈᠦ᠂ᠫᠠᠷᠯᠠᠮᠧᠨᠲ ᠤ᠋ᠨ ᠨᠣᠮ ᠤ᠋ᠨ ᠰᠠᠩ ᠢ᠋ ᠳᠡᠯᠡᢈᠡᠢ ᠶ᠋ᠢᠨ ᠵᠢᠱᠢᢉ ᠢ᠋ᠶᠡᠷ ᢈᠥᢉᠵᠢᢉᠦᠯᢈᠦ ᠳ᠋ᠦ ᠴᠢᠬᠤᠯᠠ ᠬᠤᠪᠢ ᠨᠡᠮᠡᠷᠢ ᠪᠣᠯᠤᠨᠠ” ᢉᠡᠳᠡᢉ ᠲᠦ ᠢᠯᢉᠢᠯ ᠲᠡᠢ ᠪᠠᠶᠢᠭᠠ ᠪᠠᠨ ᠲᠡᠮᠳᠡᢉᠯᠡᠪᠡ᠃
← ᠪᠤᠴᠠᠬᠤ