ᠵᠠᠯᠠᠭᠤ ᠮᠣᠩᠭᠣᠯ ᠰᠤᠳᠤᠯᠤᠭᠠᠴᠢᠳ ᠦᠨᠳᠦᠰᠦᠨ ᠦ᠋ ᠨᠣᠮ ᠤ᠋ᠨ ᠰᠠᠩ ᠢ᠋ᠶᠠᠷ ᠵᠣᠴᠢᠯᠠᠯ᠎ᠠ
ᠣᠯᠠᠨ ᠤᠯᠤᠰ ᠤ᠋ᠨ ᠮᠣᠩᠭᠤᠯᠴᠢ ᠡᠷᠳᠡᠮᠲᠡᠳ ᠦ᠋ᠨ XII ᠶᠡᢈᠡ ᠬᠤᠷᠠᠯ ᠡᠨᠡ ᠰᠠᠷ᠎ᠠ ᠶ᠋ᠢᠨ ᠑᠐-᠑᠒- ᠤ᠋ᠨ ᠡᠳᠦᠷ ᠦ᠋ᠳ ᠲᠦ ᠤᠯᠠᠭᠠᠨᠪᠠᠭᠠᠲᠤᠷ ᠬᠣᠲᠠᠨ᠎ᠠ ᠪᠣᠯᠵᠤ ᠪᠠᠶᠢᠨ᠎ᠠ᠃ ᠡᠨᠡ ᢈᠦᠷᠢᠶᠡᠨ ᠳ᠋ᠦ ᠵᠢᠯ ᠪᠦᠷᠢ ᠤᠯᠠᠮᠵᠢᠯᠠᠯ ᠪᠣᠯᠭᠠᠨ ᠵᠣᢈᠢᠶᠠᠨ ᠪᠠᠶᠢᠭᠤᠯᠳᠠᠭ ᠵᠠᠯᠠᠭᠤ ᠮᠣᠩᠭᠣᠯ ᠰᠤᠳᠤᠯᠤᠭᠠᠴᠢᠳ ᠤ᠋ᠨ ᠵᠤᠨ ᠤ᠋ ᠰᠤᠷᠭᠠᠭᠤᠯᠢ ᠶ᠋ᠢᠨ ᠣᠷᠤᠯᠴᠠᠭᠴᠢᠳ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠢ᠋ᠶᠠᠷ ᠵᠣᠴᠢᠯᠠᠯ᠎ᠠ᠃ ᠵᠠᠯᠠᠭᠤ ᠮᠣᠩᠭᠣᠯ ᠰᠤᠳᠤᠯᠤᠭᠠᠴᠢᠳ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠤ᠋ᠨ ᠦᠨᠡᠲᠦ ᠬᠣᠪᠤᠷ ᠨᠣᠮ ᠤ᠋ᠨ ᠮᠦᠽᠧᠢ ᠶ᠋ᠢ ᠦᠵᠡᠵᠦ ᠰᠣᠨᠢᠷᠬᠠᠨ ᠮᠣᠩᠭᠣᠯᠴᠤᠳ ᠤ᠋ᠨ ᠪᠢᠴᠢᢉ ᠨᠣᠮ ᠤ᠋ᠨ ᠰᠣᠶᠤᠯ᠂ ᠲᠡᢉᠦᠨ ᠦ᠋ ᠤᠯᠠᠮᠵᠢᠯᠠᠯ ᠤ᠋ᠨ ᠲᠠᠯᠠᠭᠠᠷᢈᠢ ᠮᠡᠳᠡᠯᢉᠡ ᠪᠡᠨ ᠵᠤᠵᠠᠭᠠᠳᠬᠠᠯ᠎ᠠ᠃ ᠲᠡᢉᠦᠨᠴᠢᠯᠡᠨ ᠲᠤᠰ ᠨᠣᠮ ᠤ᠋ᠨ ᠰᠠᠩ ᠤ᠋ᠨ ᠭᠠᠷ ᠪᠢᠴᠢᠮᠡᠯ᠂ ᠮᠣᠩᠭᠣᠯ ᠰᠤᠳᠤᠯᠤᠯ ᠤ᠋ᠨ ᠨᠣᠮ ᠤ᠋ᠨ ᠰᠠᠩ ᢈᠥᠮᠦᠷᢉᠡ᠂ ᠲᠥᠪᠡᠳ ᠨᠣᠮ ᠤ᠋ᠨ ᠰᠠᠩ ᢈᠥᠮᠦᠷᢉᠡ᠂ ᠳᠣᠷᠤᠨ᠎ᠠ ᠳᠠᢈᠢᠨ ᠤ᠋ ᠨᠣᠮ ᠤ᠋ᠨ ᠰᠠᠩ ᢈᠥᠮᠦᠷᢉᠡ᠂ ᠡᠷᠳᠡᠮ ᠰᠢᠨᠵᠢᠯᠡᢉᠡᠨ ᠦ᠋ ᠤᠩᠰᠢᠯᠭ᠎ᠠ ᠶ᠋ᠢᠨ ᠲᠠᠩᢈᠢᠮ᠂ ᠨᠡᠶᠢᠲᠡ ᠶ᠋ᠢᠨ ᠤᠩᠰᠢᠯᠭ᠎ᠠ ᠶ᠋ᠢᠨ ᠲᠠᠩᢈᠢᠮ ᠤ᠋ᠳ᠂ ᠲᠡᠳᠡᢉᠡᠷ ᠦ᠋ᠨ ᠦᠶᠢᠯᠡ ᠠᠵᠢᠯᠯᠠᠭ᠎ᠠ ᠲᠠᠢ ᠲᠠᠨᠢᠯᠴᠠᠪᠠ᠃ ᠥᠨᠦ ᠵᠢᠯ ᠵᠠᠯᠠᠭᠤ ᠮᠣᠩᠭᠣᠯ ᠰᠤᠳᠤᠯᠤᠭᠠᠴᠢᠳ ᠤ᠋ᠨ ᠵᠤᠨ ᠤ᠋ ᠰᠤᠷᠭᠠᠭᠤᠯᠢ ᠳ᠋ᠤ ᠣᠷᠤᠰ ᠤ᠋ᠨ ᠬᠣᠯᠪᠤᠭᠠᠨ ᠤ᠋ ᠤᠯᠤᠰ᠂ ᠪᠦᢉᠦᠳᠡ ᠨᠠᠶᠢᠷᠠᠮᠳᠠᠬᠤ ᢈᠢᠲᠠᠳ ᠠᠷᠠᠳ ᠤᠯᠤᠰ᠂ ᠬᠣᠯᠪᠤᠭᠠᠨ ᠤ᠋ ᠪᠦᢉᠦᠳᠡ ᠨᠠᠶᠢᠷᠠᠮᠳᠠᠬᠤ ᢉᠧᠷᠮᠠᠨ ᠤᠯᠤᠰ᠂ ᠶᠠᠫᠣᠨ᠋ ᠤᠯᠤᠰ᠂ ᠪᠦᢉᠦᠳᠡ ᠨᠠᠶᠢᠷᠠᠮᠳᠠᠬᠤ ᠰᠣᠯᠤᠩᠭᠤᠰ ᠤᠯᠤᠰ᠂ ᠪᠦᢉᠦᠳᠡ ᠨᠠᠶᠢᠷᠠᠮᠳᠠᠬᠤ ᠲᠦᠷᠻ ᠤᠯᠤᠰ ᠵᠡᠷᢉᠡ ᠳᠡᠯᠡᢈᠡᠢ ᠶ᠋ᠢᠨ ᠮᠣᠩᠭᠣᠯ ᠰᠤᠳᠤᠯᠤᠯ ᠤ᠋ᠨ ᠲᠡᠷᠢᢉᠦᠯᠡᢉᠴᠢ ᠤᠯᠤᠰ ᠣᠷᠣᠨ ᠨᠤᠭᠤᠳ ᠤ᠋ᠨ ᠑᠓ ᠶᠡᢈᠡ ᠳᠡᢉᠡᠳᠦ ᠰᠤᠷᠭᠠᠭᠤᠯᠢ᠂ ᠡᠷᠳᠡᠮ ᠰᠢᠨᠵᠢᠯᠡᢉᠡᠨ ᠦ᠋ ᠪᠠᠶᠢᠭᠤᠯᠤᠯᠭ᠎ᠠ ᠶ᠋ᠢᠨ ᠒᠖ ᠵᠠᠯᠠᠭᠤ ᠮᠣᠩᠭᠣᠯᠴᠢ ᠡᠷᠳᠡᠮᠲᠡᠨ ᠣᠷᠤᠯᠴᠠᠵᠤ ᠪᠠᠶᠢᠨ᠎ᠠ᠃
← ᠪᠤᠴᠠᠬᠤ