Мэдээний зураг
ᠶᠠᠫᠣᠨ ᠤ᠋ ᠲᠣᠲ᠋ᠤᠷᠢ ᠮᠤᠵᠢ ᠶ᠋ᠢᠨ ᠲᠥᠯᠦᢉᠡᠯᠡᢉᠴᠢᠳ ᠨᠣᠮ ᠤ᠋ᠨ ᠰᠠᠩ ᠤ᠋ᠨ ᠦᠶᠢᠯᠡ ᠠᠵᠢᠯᠯᠠᠭ᠎ᠠ ᠲᠠᠢ ᠲᠠᠨᠢᠯᠴᠠᠯ᠎ᠠ
ᠶᠠᠫᠣᠨ᠋ ᠤᠯᠤᠰ ᠤ᠋ᠨ ᠲᠣᠲ᠋ᠤᠷᠢ ᠮᠤᠵᠢ ᠶ᠋ᠢᠨ ᠳᠡᠳ᠋ ᠵᠠᢈᠢᠷᠤᠭᠴᠢ ᠻᠠᠮᠧᠢ ᠻᠠᠽᠦᠶᠶᠣᠱᠢ᠂ “ᠮᠠᠩᠯᠠᠶᠢᠯᠠᠭᠴᠢ ᠮᠤᠵᠢ ᠲᠣᠲ᠋ᠤᠷᠢ” ᢈᠥᢉᠵᠢᠯ ᠦ᠋ᠨ ᠪᠣᠳᠤᠯᠭ᠎ᠠ ᠶ᠋ᠢᠨ ᠲᠥᠪ ᠭᠠᠵᠠᠷ ᠤ᠋ᠨ ᠳᠠᠷᠤᠭ᠎ᠠ ᠡᠨᠳᠤ ᠲᠣᠰᠢᠻᠢ᠂ ᠭᠠᠳᠠᠭᠠᠳᠤ ᠬᠠᠷᠢᠯᠴᠠᠭᠠᠨ ᠤ᠋ ᢈᠡᠯᠲᠡᠰ ᠦ᠋ᠨ ᠳᠠᠷᠤᠭ᠎ᠠ ᠢᠵᠢᠮ᠎ᠠ ᠶᠠᠰᠦ᠋ᠣ᠂ ᠭᠠᠳᠠᠭᠠᠳᠤ ᠬᠠᠷᠢᠯᠴᠠᠭᠠᠨ ᠤ᠋ ᢈᠡᠯᠲᠡᠰ ᠦ᠋ᠨ ᠳᠠᠷᠤᠭ᠎ᠠ ᠶ᠋ᠢᠨ ᠣᠷᠤᠯᠠᠭᠴᠢ ᠲᠠᠨᠠᠻᠠ ᠶᠦᠻᠢᠶᠠᠰᠦ᠂ ᠭᠠᠳᠠᠭᠠᠳᠤ ᠬᠠᠷᠢᠯᠴᠠᠭᠠᠨ ᠤ᠋ ᢈᠡᠯᠲᠡᠰ ᠦ᠋ᠨ ᠠᠵᠢᠯᠲᠠᠨ ᠱᠤᠭᠠᠷᠠᠵᠠᠪ ᠤ᠋ᠨ ᠴᠡᠷᠢᠩᠳᠣᠯᠭᠠᠷ᠂ ᠮᠤᠵᠢ ᠶ᠋ᠢᠨ ᠨᠣᠮ ᠤ᠋ᠨ ᠰᠠᠩ ᠤ᠋ᠨ ᠵᠠᢈᠢᠷᠤᠯ ᠻᠣᠪᠠᠶᠠᠰᠢ ᠲᠠᠻᠠᠱᠢ᠂ ᠨᠣᠮ ᠤ᠋ᠨ ᠰᠠᠩᠴᠢ ᠠᠨᠳᠤ ᠤᠷᠢᠶ᠎ᠡ᠂ ᠰᠢᠮᠣᠳᠠ ᠨᠠᠴᠦ᠋ᠻᠣ ᠨᠠᠷᠠ ᠒᠐᠒᠓ ᠣᠨ ᠤ᠋ ᠗ ᠳ᠋ᠤᠭᠠᠷ ᠰᠠᠷ᠎ᠠ ᠶ᠋ᠢᠨ ᠒᠘-ᠨ ᠤ᠋ ᠡᠳᠦᠷ ᠮᠣᠩᠭᠣᠯ ᠤᠯᠤᠰ ᠤ᠋ᠨ ᠦᠨᠳᠦᠰᠦᠨ ᠦ᠋ ᠨᠣᠮ ᠤ᠋ᠨ ᠰᠠᠩ ᠢ᠋ᠶᠠᠷ ᠵᠣᠴᠢᠯᠠᠵᠤ᠂ ᠦᠶᠢᠯᠡ ᠠᠵᠢᠯᠯᠠᠭ᠎ᠠ ᠲᠠᠢ ᠲᠠᠨᠢᠯᠴᠠᠯ᠎ᠠ᠃ ᠲᠤᠰ ᠮᠤᠵᠢ ᠨᠢ ᠮᠣᠩᠭᠣᠯ ᠤᠯᠤᠰ ᠤ᠋ᠨ ᠲᠥᠪ ᠠᠶᠢᠮᠠᠭ ᠲᠠᠢ ᠬᠠᠮᠲᠤ ᠶ᠋ᠢᠨ ᠠᠵᠢᠯᠯᠠᠭᠠᠨ ᠤ᠋ ᠒᠐ ᠭᠠᠷᠤᠢ ᠵᠢᠯ ᠦ᠋ᠨ ᠲᠡᠦᢈᠡ ᠲᠡᠢ ᠪᠥᢉᠡᠳ ᠠᠶᠢᠮᠠᠭ ᠤ᠋ᠨ ᠑᠐᠐ ᠵᠢᠯ ᠦ᠋ᠨ ᠣᠢ ᠶ᠋ᠢᠨ ᠪᠠᠶᠠᠷᠲᠤ ᠤᠷᠢᠯᠭ᠎ᠠ ᠪᠠᠷ ᢈᠦᠷᠦᠯᠴᠡᠨ ᠢᠷᠡᠵᠡᠢ᠃ ᠬᠠᠮᠲᠤ ᠶ᠋ᠢᠨ ᠠᠵᠢᠯᠯᠠᠭᠠᠨ ᠤ᠋ ᠣᠨ ᠵᠢᠯ ᠦ᠋ᠳ ᠲᠦ ᠲᠤᠰ ᠠᠶᠢᠮᠠᠭ ᠤ᠋ᠨ ᠨᠣᠮ ᠤ᠋ᠨ ᠰᠠᠩ ᠪᠣᠯᠤᠨ ᠰᠣᠶᠤᠯ ᠤ᠋ᠨ ᠪᠠᠶᠢᠭᠤᠯᠤᠯᠭ᠎ᠠ ᠶ᠋ᠢᠨ ᠠᠯᠪᠠᠨ ᠬᠠᠭᠠᠭᠴᠢᠳ ᠢ᠋ ᠮᠤᠵᠢ ᠶ᠋ᠢᠨ ᠢ᠋ᠶᠠᠨ ᠰᠣᠶᠤᠯ ᠤ᠋ᠨ ᠪᠠᠶᠢᠭᠤᠯᠤᠯᠭ᠎ᠠ ᠨᠤᠭᠤᠳ ᠲᠤ ᠤᠷᠢᠵᠤ᠂ ᠳᠠᠳᠤᠯᠭᠠᠵᠢᠭᠴᠢ ᠪᠠᠷ ᠠᠵᠢᠯᠯᠠᠭᠤᠯᠵᠤ ᠪᠠᠶᠢᠵᠡᠢ᠃ ᠴᠠᠭᠠᠰᠢᠳᠠ ᠬᠣᠶᠠᠷ ᠣᠷᠤᠨ ᠤ᠋ ᠰᠣᠶᠤᠯ ᠤ᠋ᠨ ᠪᠠᠶᠢᠭᠤᠯᠤᠯᠭ᠎ᠠ ᠶ᠋ᠢᠨ ᠬᠠᠮᠲᠤ ᠶ᠋ᠢᠨ ᠠᠵᠢᠯᠯᠠᠭ᠎ᠠ ᠴᠠᠭᠠᠰᠢᠳᠠ ᠤᠯᠠᠮ ᠪᠠᠲᠤᠵᠢᠵᠤ᠂ ᠥᠷᢉᠡᠵᠢᠨ ᠲᠡᠯᠡᠨ᠎ᠡ ᢉᠡᠳᠡᢉ ᠲᠦ ᠢᠲᠡᢉᠡᠯᠲᠡᠢ ᠪᠠᠶᠢᠨ᠎ᠠ᠃
← ᠪᠤᠴᠠᠬᠤ